面授课程网络课程在线咨询

ᠲᠡᠷᠢᠭᠦᠨ ᠨᠢᠭᠤᠷ > ᠡᠯᠰᠡᠬᠦ ᠮᠡᠳᠡᠭᠡ > ᠪᠠᠭᠰᠢ ᠡᠯᠰᠡᠬᠦ ᠵᠠᠷ >

2018 ᠣᠨ ‍ᠣ ᠬᠦᠬᠡᠬᠣᠲᠠ ᠶᠢᠨ ᠪᠠᠭᠰᠢ ᠡᠯᠰᠡᠬᠦ ᠨᠥᠬᠦᠴᠡᠯ
ᠬᠤᠸᠠ ᠲᠦ᠋2017-12-25 15:01

     2018 ᠣᠨ ‍ᠣ ᠬᠦᠬᠡᠬᠠᠣᠲᠠ ᠶᠢᠨ ᠪᠠᠭᠰᠢ ᠡᠯᠰᠡᠬᠦ ᠰᠢᠯᠭᠠᠯᠲᠠ ᠶᠢᠨ ᠨᠦᠬᠦᠴᠡᠯ ᠪᠤᠯ ᠣᠷᠤᠯᠴᠠᠭᠰᠠᠳ ᠨᠢᠭᠡᠪᠦᠷᠢ ᠶᠢᠨ ᠡᠷᠬᠡᠪᠰᠢ ᠮᠡᠳᠡᠬᠦ ᠵᠦᠢᠯᠡᠰ ᠪᠤᠯᠤᠨ᠎ᠠ᠂ ᠬᠠᠮᠤᠭ ᠲᠡᠷᠢᠭᠦᠨ ᠳ᠋ᠥ ᠥᠪᠡᠷ ᠢ ᠪᠡᠨ ᠶᠠᠮᠠᠷ ᠨᠦᠬᠦᠴᠡᠯ ᠲᠠᠢ ᠡᠰᠡᠬᠦ ᠶᠢ ᠣᠶᠢᠯᠠᠭᠠᠵᠦ᠂ ᠥᠪᠡᠷ ᠦᠨ ᠨᠥᠬᠦᠴᠡᠯ ᠢᠶᠡᠨ ᠪᠠᠭᠰᠢ ᠡᠯᠰᠡᠬᠦ ᠨᠦᠬᠦᠴᠡᠯ ᠲᠠᠢ ᠠᠳᠠᠯᠢᠳᠬᠠᠵᠦ᠂ ᠬᠡᠷᠪᠡ ᠨᠦᠬᠦᠴᠡᠯ ᠴᠢᠨᠢ ᠲᠤᠬᠢᠷᠠᠪᠠᠯ ᠰᠢᠯᠭᠠᠯᠲᠠ ᠳ᠋ᠥ ᠣᠷᠣᠯᠴᠠᠵᠦ ᠪᠣᠯᠣᠨ᠎ᠠ᠂ ᠥᠪᠡᠷ ᠤᠨ ᠨᠦᠬᠦᠴᠡᠯ ᠳ᠋ᠥ ᠪᠡᠨ ᠠᠰᠠᠭᠣᠳᠠᠯ ᠲᠠᠢ ᠪᠤᠯ᠂ ᠴᠠᠭ ᠲᠤᠬᠠᠢ ᠳ᠋ᠤᠨᠢ ᠶᠡᠷᠥᠩᠬᠡᠢ ᠵᠢᠭᠠᠪᠤᠷᠢ ᠨᠡᠶᠢᠳᠡᠯᠡᠭᠰᠡᠨ ᠨᠣᠮᠸ᠋ᠷ ᠲᠠᠢ ᠣᠳᠠᠰᠣ ᠨᠡᠪᠳᠡᠷᠡᠯᠴᠡᠵᠦ᠂ ᠨᠦᠬᠦᠴᠡᠯ ᠳ᠋ᠦ ᠨᠡᠶᠢᠴᠡᠬᠦ ᠡᠰᠡᠬᠦ ᠪᠡᠨ ᠪᠠᠳᠣᠯᠠᠬᠤ ᠬᠡᠷᠡᠭᠲᠡᠢ ᠃

(ᠨᠢᠭᠡ) ᠨᠡᠷ᠎ᠡ ᠮᠡᠳᠡᠭᠦᠯᠥᠭᠰᠡᠳ ᠳᠣᠣᠷᠠᠬᠢ ᠨᠥᠬᠦᠴᠡᠯ ᠢ ᠬᠠᠩᠭᠠᠬᠤ ᠬᠡᠷᠡᠭᠲᠡᠢ
     1. ᠪᠦᠭᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶᠠᠯᠠᠯ ᠲᠠᠢ᠃

     2. ᠪᠦᠭᠥᠳᠡ ᠨᠠᠶᠢᠷᠠᠮᠳᠠᠬᠤ ᠳᠣᠮᠳᠠᠳᠣ ᠠᠷᠠᠳ ᠤᠯᠤᠰ ᠤᠨ ᠬᠠᠤᠯᠢ ᠴᠠᠭᠠᠵᠠ ᠶᠢ ᠵᠢᠷᠤᠮᠯᠠᠵᠤ᠂ ᠰᠣᠷᠭᠠᠨ ᠬᠥᠮᠥᠵᠢᠯ  ᠤᠨ ᠠᠵᠢᠯ ᠳ᠋ᠥ ᠬᠠᠶᠢᠷᠠᠲᠠᠢ᠂ ᠪᠠᠭᠰᠢ ᠶᠢᠨ ᠠᠵᠢᠯ ᠳ᠋ᠥ ᠬᠦᠭᠡᠭᠡᠴᠡᠯᠳᠥᠯ ᠲᠠᠢ᠂ ᠲᠣᠰᠬᠠᠢ ᠠᠵᠢᠯ ᠤᠨ ᠶᠣᠰᠣ ᠰᠣᠷᠳᠠᠬᠤᠨ ᠢ ᠪᠠᠷᠢᠮᠳᠠᠯᠠᠵᠦ᠂ ᠰᠠᠶᠢᠨ ᠰᠠᠶᠢᠬᠠᠨ ᠵᠠᠠᠩ ᠮᠤᠷᠠᠯ ᠲᠠᠢ᠂ ᠵᠢᠭᠠᠨ ᠰᠣᠷᠭᠠᠯᠲᠠ ᠶᠢᠨ ᠥᠨᠳᠥᠰᠥᠨ ᠴᠢᠳᠠᠪᠤᠷᠢ ᠲᠠᠢ ᠪᠠᠶᠢᠬᠤ ᠬᠡᠷᠡᠭᠲᠡᠢ᠃

     3. ᠣᠳᠣ ᠶᠢᠨ ᠬᠤᠭᠤᠴᠠᠭ᠎ᠠ ᠪᠠ ᠥᠩᠭᠡᠷᠡᠭᠰᠡᠨ ᠬᠤᠭᠤᠴᠠᠭ᠎ᠠ ᠲᠡᠭᠥᠰᠥᠭᠰᠡᠨ ᠰᠣᠷᠣᠭᠴᠢ᠂  ᠤᠯᠤᠰ ᠤᠨ ᠬᠠᠷᠢᠶᠠᠨ ᠳ᠋ᠦ  ᠵᠥᠪᠰᠢᠶᠡᠷᠡᠭᠳᠡᠬᠦ ᠠᠵᠢᠯ ᠤᠨ ᠪᠠᠶᠢᠷᠢ ᠶᠢᠨ ᠱᠠᠭᠠᠷᠳᠠᠯᠭ᠎ᠠ ᠳ᠋ᠦ ᠨᠡᠶᠢᠴᠡᠬᠦ ᠨᠠᠮᠳᠠᠷ ᠲᠠᠢ᠂ ᠨᠠᠷᠢᠯᠢᠭ ᠵᠦᠢᠯᠡᠰ ᠢ  〈〈 ᠠᠵᠢᠯ ᠡᠯᠰᠡᠬᠦ ᠬᠦᠰᠥᠨᠥᠭᠳᠦ   ᠶᠢ ᠠᠩᠬᠠᠷᠤᠭᠠᠷᠠᠢ᠃
     4.18 ᠪᠦᠬᠦᠯᠢ ᠨᠠᠰᠣᠨ ᠡᠴᠡ ᠳᠡᠭᠡᠭᠰᠢ᠂ 35 ᠨᠠᠰᠣᠨ ᠡᠴᠡ ᠳᠣᠷᠣᠭᠰᠢ

     5. ᠨᠡᠷ᠎ᠡ ᠮᠡᠳᠡᠭᠦᠯᠥᠭᠰᠡᠳ ᠡᠷᠬᠡᠪᠰᠢ ᠪᠠᠭᠰᠢ  ᠶᠢᠨ ᠬᠢᠷᠢ ᠬᠡᠮ ᠦᠨ ᠦᠨᠡᠮᠯᠡᠯ ᠪᠠᠶᠢᠬᠤ ᠬᠡᠷᠡᠭᠲᠡᠢ (ᠪᠠᠭᠰᠢ ᠶᠢᠨ ᠬᠢᠷᠢ ᠬᠡᠮ ᠦᠨ ᠦᠨᠡᠮᠯᠡᠯ ᠣᠯᠣᠭᠤᠳᠣᠢ ᠪᠤᠯᠠᠪᠠᠴᠤ ᠡᠯᠰᠡᠭᠳᠡᠭᠰᠡᠨ ᠬᠦᠮᠥᠰ᠂ ᠡᠷᠬᠡᠪᠰᠢ ᠠᠵᠢᠯ  ᠤᠨ ᠪᠠᠶᠢᠷᠢ ᠳ᠋ᠥ ᠭᠠᠷᠤᠭᠰᠠᠨ ᠨᠢᠭᠡ ᠵᠢᠯ ᠦᠨ ᠳᠣᠳᠣᠷ᠎ᠠ ᠪᠠᠭᠰᠢ ᠶᠢᠨ ᠬᠢᠷᠢ ᠬᠡᠮ ᠦᠨ ᠦᠨᠡᠮᠯᠡᠯ  ᠢ ᠣᠯᠬᠣ ᠬᠡᠷᠡᠭᠲᠡᠢ)᠂ ᠵᠠᠷᠢᠮ ᠠᠵᠢᠯ ᠤᠨ ᠪᠠᠶᠢᠷᠢ ᠨᠢ ᠪᠠᠭᠰᠢ ᠶᠢᠨ ᠬᠢᠷᠢ ᠬᠡᠮ ᠦᠨ ᠦᠨᠡᠨᠯᠡᠯ ᠳ᠋ᠥ ᠱᠠᠭᠠᠷᠳᠠᠭᠰᠠᠨ ᠵᠦᠢᠯᠡᠰ ᠢ << ᠠᠵᠢᠯ ᠡᠯᠰᠡᠬᠦ ᠬᠦᠰᠥᠨᠥᠭᠲᠦ︾ ᠪᠡᠷ ᠪᠠᠷᠢᠮᠵᠢᠶ᠎ᠠ ᠪᠤᠯᠭᠠᠭᠠᠷᠠᠢ᠃

     6. ᠶᠡᠷᠥ ᠶᠢᠨ ᠠᠵᠢᠯ ᠢ ᠪᠡᠶᠡᠯᠡᠭᠦᠯᠵᠦ ᠳᠡᠶᠢᠯᠬᠦ ᠪᠡᠶ᠎ᠡ ᠮᠠᠬᠠᠪᠣᠳ ᠪᠠ ᠰᠡᠳᠬᠢᠴᠡ ᠶᠢᠨ ᠴᠢᠨᠰᠠᠭ᠎ᠠ ᠲᠠᠢ᠃
     7. ᠠᠵᠢᠯ ᠤᠨ ᠪᠠᠶᠢᠷᠢ ᠳ᠋ᠥ ᠲᠤᠬᠢᠷᠠᠭᠰᠠᠨ ᠴᠢᠳᠠᠪᠤᠷᠢ ᠪᠠᠶᠢᠬᠤ ᠬᠡᠷᠡᠭᠲᠡᠢ᠃
     8. ᠠᠵᠢᠯ ᠤᠨ ᠪᠠᠶᠢᠷᠢ ᠳ᠋ᠥ ᠱᠠᠭᠠᠷᠳᠠᠭᠰᠠᠳ ᠡᠴᠡ ᠪᠤᠰᠤᠳ ᠱᠠᠭᠠᠷᠳᠠᠯᠭ᠎ᠠ ᠶᠢ ᠪᠠᠰᠠ ᠬᠠᠩᠭᠠᠬᠤ ᠬᠡᠷᠡᠭᠲᠡᠢ᠃
     9. ᠨᠡᠷ᠎ᠡ ᠮᠡᠳᠡᠭᠦᠯᠥᠭᠰᠡᠳ ᠡᠷᠬᠡᠪᠰᠢ ᠥᠪᠡᠷ ᠦᠨ ᠰᠣᠷᠣᠭᠰᠠᠨ ᠲᠣᠰᠬᠠᠢ ᠮᠡᠷᠭᠡᠵᠢᠯ ᠲᠠᠢ ᠠᠳᠠᠯᠢ ᠪᠠᠶᠢᠬᠤ ᠬᠡᠷᠡᠭᠲᠡᠢ᠂ ᠲᠣᠰᠬᠠᠢ ᠮᠡᠷᠭᠡᠵᠢᠯ ᠦᠨ ᠱᠠᠭᠠᠷᠳᠠᠯᠭ᠎ᠠ ᠶᠢᠨ ᠲᠤᠬᠠᠢ︽ ᠠᠵᠢᠯ ᠡᠯᠰᠡᠬᠦ ᠬᠦᠰᠥᠨᠥᠭᠲᠦ︾ ᠪᠡᠷ ᠭᠣᠣᠯ ᠪᠤᠯᠭᠠᠨ᠎ᠠ᠃

     ᠤᠯᠤᠰ ᠭᠡᠷ ᠪᠠ ᠥᠪᠡᠷᠲᠡᠭᠡᠨ ᠵᠠᠰᠠᠬᠤ ᠤᠷᠤᠨ ᠣ ᠲᠣᠭᠲᠠᠭᠠᠭᠰᠠᠨ ᠲᠣᠭᠲᠠᠭᠠᠯ  ᠢ ᠥᠨᠳᠥᠰᠦᠯᠡᠨ᠂ ᠲᠣᠰ ᠤᠳᠠᠭᠠᠨ ᠣ ᠠᠵᠢᠯ ᠡᠯᠰᠡᠬᠦ ᠨᠢ ᠲᠣᠭᠲᠠᠭᠰᠠᠨ ᠬᠠᠷᠢᠴᠠᠯ  ᠪᠠᠷ ᠦᠢᠯᠡᠴᠢᠯᠡᠬᠦ ᠬᠤᠭᠤᠴᠠᠭ᠎ᠠ  ᠶᠢ ᠭᠦᠢᠴᠡᠳᠬᠡᠬᠦ ᠬᠡᠷᠡᠭᠳᠡᠢ (ᠬᠠᠮᠤᠭ ᠤᠨ ᠳᠣᠣᠷ᠎ᠠ ᠦᠢᠯᠡᠴᠢᠯᠡᠬᠦ ᠬᠤᠭᠤᠴᠠᠭ᠎ᠠ ᠨᠢ 2 ᠵᠢᠯ᠂ ᠲᠣᠣᠷᠠᠬᠢ ᠮᠡᠲᠦ) ᠮᠥᠷᠲᠡᠭᠡᠨ ᠬᠢᠨᠠᠨ ᠰᠢᠯᠭᠠᠯᠲᠠ ᠨᠢ ᠬᠢᠷᠢ ᠲᠡᠩᠴᠡᠭᠰᠡᠨ ᠥᠨᠳᠦᠰᠥᠨ ᠱᠠᠲᠤ ᠶᠢᠨ ᠲᠥᠷᠥᠯ ᠵᠦᠢᠯ ᠦᠨ ᠬᠦᠮᠥᠰ ᠪᠠ ᠠᠯᠪᠠᠨ ᠡᠴᠡ ᠰᠠᠯᠤᠭᠰᠠᠨ ᠶᠡᠬᠡ ᠳᠡᠭᠡᠳᠦ ᠰᠣᠷᠭᠠᠭᠤᠯᠢ ᠶᠢᠨ ᠴᠡᠷᠢᠭ(ᠳᠣᠣᠷ᠎ᠠ ᠳᠦᠭᠥᠮᠴᠢᠯᠡᠭᠡᠳ᠌᠌᠌᠌᠄᠄ᠲᠥᠷᠥᠯ ᠵᠦᠢᠯ ᠦᠨ ᠬᠦᠮᠥᠰ) ᠪᠠᠶᠢᠬᠤ ᠬᠡᠷᠡᠭᠲᠡᠢ᠃ ᠨᠤᠲᠠᠲᠠᠢ ᠲᠣᠭᠲᠠᠭᠰᠠᠨ ᠬᠠᠷᠢᠴᠠᠯ ᠪᠠᠷ ᠲᠣᠭᠲᠠᠭᠰᠠᠨ ᠬᠠᠨᠳᠣᠰᠢ ᠲᠠᠢ ᠮᠣᠩᠭᠣᠯ ᠬᠢᠲᠠᠳ ᠬᠤᠶᠠᠷ ᠬᠡᠯᠡᠨ ᠳ᠋ᠥ ᠨᠡᠪᠳᠡᠷᠡᠬᠦ ᠬᠡᠷᠡᠭᠲᠡᠢ( ᠮᠣᠩᠭᠣᠯ ᠢᠶᠠᠷ ᠬᠢᠴᠢᠶᠡᠯᠯᠡᠭᠰᠡᠨ ᠶᠡᠬᠡ ᠳᠡᠭᠡᠳᠦ ᠰᠤᠷᠭᠠᠭᠤᠯᠢ ᠡᠴᠡ ᠲᠡᠭᠦᠰᠥᠭᠰᠡᠨ ᠪᠠᠶᠢᠬᠤ ᠬᠡᠷᠡᠭᠲᠡᠢ)᠃
    ᠬᠠᠨᠳᠤᠯᠭ᠎ᠠ ᠲᠠᠢ ᠡᠯᠰᠡᠨ ᠤᠷᠢᠬᠤ︿︿ ᠲᠥᠷᠥᠯ ᠵᠦᠢᠯ ﹀﹀ ᠠᠵᠢᠯ ᠳ᠋ᠥ᠂ ᠨᠡᠷ᠎ᠡ ᠮᠡᠳᠡᠭᠦᠯᠥᠭᠰᠡᠳ ᠡᠷᠬᠡᠪᠰᠢ ᠲᠣᠭᠲᠠᠭᠰᠠᠨ ᠬᠤᠭᠤᠴᠠᠭ᠎ᠠ ᠲᠣᠲᠤᠷ᠎ᠠ ᠬᠤᠭᠤᠴᠠᠭ᠎ᠠ ᠨᠢ ᠭᠦᠢᠴᠡᠭᠰᠡᠨ ᠮᠦᠷᠳᠡᠭᠡᠨ  ᠬᠢᠨᠠᠨ ᠪᠠᠶᠢᠴᠠᠭᠠᠯᠲᠠ ᠨᠢ ᠬᠢᠷᠢ ᠲᠡᠩᠴᠡᠭᠰᠡᠨ ᠥᠨᠳᠦᠰᠥᠨ ᠱᠠᠳᠤᠨ ᠳ᠋ᠥ ᠦᠢᠯᠡᠴᠢᠯᠡᠬᠦ ᠬᠦᠮᠥᠰ ᠡᠰᠡᠭᠦᠯ᠎ᠡ ᠲᠣᠭᠲᠠᠭᠰᠠᠨ ᠴᠠᠭ ᠡᠴᠡ ᠡᠮᠦᠨ᠎ᠡ ᠴᠡᠷᠢᠭ ᠡᠴᠡ ᠬᠠᠯᠠᠭᠳᠠᠭᠰᠠᠨ ᠣ ᠳᠠᠷᠠᠭᠠᠬᠢ ᠶᠡᠬᠡ ᠰᠤᠷᠭᠠᠭᠤᠯᠢ ᠶᠢᠨ ᠤᠶᠤᠳᠠᠳ ᠪᠠᠶᠢᠬᠤ ᠬᠡᠷᠡᠭᠲᠡᠢ᠃
     ᠲᠣᠭᠲᠠᠭᠰᠠᠨ ᠴᠠᠭ ᠤᠨ ᠲᠤᠲᠤᠷ᠎ᠠ᠂ ᠠᠯᠪᠠᠲᠠᠨ ᠰᠢᠯᠭᠠᠯᠲᠠ ᠳ᠋ᠥ ᠡᠯᠰᠡᠭᠳᠡᠭᠰᠡᠨ ᠬᠦᠮᠥᠨ ᠡᠰᠡᠭᠦᠯ᠎ᠡ ᠠᠵᠢᠯ ᠦᠢᠯᠡᠰ ᠦᠨ ᠨᠢᠭᠡᠴᠢ ᠳ᠋ᠥ ᠡᠯᠰᠡᠭᠳᠡᠭᠰᠡᠨ ᠬᠦᠮᠥᠨ (ᠠᠵᠢᠯ ᠤᠨ ᠣᠷᠣᠨ ᠲᠣᠭ᠎ᠠ ᠲᠠᠢ) ᠂︽ ᠥᠨᠳᠦᠰᠥᠨ ᠱᠠᠲᠤ ᠶᠢᠨ ᠲᠥᠷᠥᠯ ᠵᠦᠢᠯ︾ ᠤᠨ ᠠᠵᠢᠯ ᠤᠨ ᠪᠠᠶᠢᠷᠢ ᠳ᠋ᠥ ᠨᠡᠷ᠎ᠡ ᠮᠡᠳᠡᠭᠦᠯᠵᠦ ᠪᠣᠯᠬᠤ ᠦᠭᠡᠢ᠂ ᠵᠥᠪᠬᠡᠨ ᠣᠨᠳᠣᠣ ᠠᠵᠢᠯ ᠤᠨ ᠪᠠᠶᠢᠷᠢ ᠳ᠋ᠥ ᠨᠡᠷ᠎ᠡ ᠮᠡᠳᠡᠭᠦᠯᠵᠦ ᠪᠣᠯᠣᠨ᠎ᠠ᠃
     ᠥᠨᠳᠥᠰᠥᠨ ᠱᠠᠲᠤᠨ ᠣ ᠲᠥᠷᠥᠯ ᠵᠦᠢᠯ ᠭᠡᠳᠡᠭ ᠨᠢ᠄ ᠥᠪᠡᠷᠲᠡᠭᠡᠨ ᠵᠠᠰᠠᠬᠤ ᠣᠷᠤᠨ ᠣ ᠨᠠᠮ ᠤᠨ ᠬᠣᠷᠢᠶ᠎ᠠ ᠡᠴᠡ ᠲᠣᠯᠤᠭᠠᠶᠢᠯᠠᠭᠰᠠᠨ ᠵᠤᠬᠢᠶᠠᠨ ᠪᠠᠶᠢᠭᠤᠯᠤᠯᠲᠠ ᠶᠢᠨ ᠶᠡᠬᠡ ᠳᠡᠭᠡᠳᠦ ᠰᠣᠷᠭᠠᠭᠤᠯᠢ ᠡᠴᠡ ᠲᠡᠭᠦᠰᠥᠭᠰᠡᠨ ᠰᠤᠷᠤᠭᠴᠢ ᠡᠴᠡ ᠭᠠᠴᠠᠭ᠎ᠠ ᠲᠤᠰᠬᠤᠨ ᠳ᠋ᠥ ᠬᠦᠷᠴᠦ ᠠᠶᠢᠯᠯᠠᠬᠤ᠂ ᠥᠪᠷᠳᠡᠭᠡᠨ ᠵᠠᠰᠠᠬᠤ ᠤᠷᠤᠨᠣ ᠬᠦᠳᠥᠯᠪᠦᠷᠢ ᠶᠢᠨ ᠬᠦᠴᠥᠨ ᠣ ᠡᠬᠢ ᠪᠠᠶᠠᠯᠢᠭ ᠪᠤᠯᠤᠨ ᠨᠡᠶᠢᠭᠡᠮ ᠦᠨ ᠪᠠᠲᠤᠯᠠᠪᠤᠷᠢ ᠶᠢᠨ ᠲᠠᠰᠣᠭ ᠡᠴᠡ ᠲᠤᠯᠤᠭᠤᠶᠢᠯᠠᠭᠰᠠᠨ ᠵᠤᠬᠢᠶᠠᠨ ᠪᠠᠶᠢᠭᠤᠯᠥᠯᠲᠠ ᠶᠢᠨ ᠶᠡᠬᠡ ᠳᠡᠭᠡᠳᠦ ᠰᠣᠷᠭᠠᠭᠤᠯᠢ ᠡᠴᠡ ᠲᠡᠭᠦᠰᠥᠭᠰᠡᠨ ᠰᠣᠷᠣᠭᠴᠢ ᠡᠴᠡ ᠭᠠᠴᠠᠭ᠎ᠠ ᠲᠤᠰᠬᠤᠨ ᠳ᠋ᠥ ᠬᠦᠷᠴᠦ ᠠᠵᠢᠯᠯᠠᠬᠤ᠂ ᠥᠪᠡᠷᠲᠡᠭᠡᠨ ᠵᠠᠰᠠᠬᠤ ᠣᠷᠤᠨ ᠣ ᠬᠦᠳᠥᠯᠪᠦᠷᠢ ᠶᠢᠨ ᠬᠦᠴᠥᠨ ᠣ ᠡᠬᠢ ᠪᠠᠶᠠᠯᠢᠭ ᠪᠤᠯᠤᠨ ᠨᠡᠶᠢᠭᠡᠮ ᠦᠨ ᠪᠠᠲᠤᠯᠠᠪᠤᠷᠢ ᠶᠢᠨ ᠲᠠᠰᠤᠭ ᠡᠴᠡ ᠲᠤᠯᠤᠭᠠᠶᠢᠯᠠᠭᠰᠠᠨ ᠶᠡᠬᠡ ᠳᠡᠭᠡᠳᠦ ᠰᠤᠷᠭᠠᠭᠤᠯᠢ ᠡᠴᠡ ᠲᠡᠭᠦᠰᠥᠭᠰᠡᠨ᠌᠌ ᠂ᠭᠤᠷᠪᠠ ᠶᠢ ᠳᠡᠮᠵᠢᠵᠦ᠂ ᠨᠢᠭᠡ ᠶᠢ ᠳᠡᠳᠬᠦᠬᠦ ᠂ᠲᠥᠯᠥᠪᠯᠡᠭᠡ᠂ ᠥᠨᠳᠥᠰᠥᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳ᠋ᠥ ᠦᠢᠯᠡᠴᠢᠯᠡᠬᠦ ᠲᠥᠯᠥᠪᠯᠡᠭᠡ᠂ ᠶᠡᠬᠡ ᠳᠡᠭᠡᠳᠦ ᠰᠣᠷᠭᠠᠭᠣᠯᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠴᠢᠳᠠᠪᠤᠷᠢᠲᠠᠨ ᠣ ᠬᠦᠮᠥᠷᠢᠭ ᠦᠨ ᠲᠥᠯᠥᠪᠯᠡᠭᠡ᠂ ᠥᠨᠳᠥᠰᠥᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳ᠋ᠥ ᠦᠢᠯᠡᠴᠢᠯᠡᠭᠰᠡᠨ ᠬᠦᠮᠥᠰ᠂ ᠥᠪᠡᠷᠲᠡᠭᠡᠨ ᠵᠠᠰᠠᠬᠤ ᠣᠷᠤᠨ ᠣ ᠰᠤᠷᠭᠠᠨ ᠬᠥᠮᠥᠵᠢᠯ ᠦᠨ ᠲᠠᠩᠬᠢᠮ ᠡᠴᠡ ᠲᠤᠯᠤᠭᠠᠶᠢᠯᠠᠭᠰᠠᠨ ᠵᠣᠬᠢᠶᠠᠨ ᠪᠠᠶᠢᠭᠤᠯᠥᠯᠲᠠ ᠶᠢᠨ ᠬᠦᠳᠡᠭᠡ ᠲᠤᠰᠬᠤᠨ ᠣ ᠠᠯᠪᠠᠨ ᠵᠢᠷᠤᠮ ᠤᠨ ᠰᠤᠷᠭᠠᠨ ᠬᠥᠮᠥᠵᠢᠯ ᠦᠨ ᠰᠣᠷᠭᠠᠭᠤᠯᠢ ᠶᠢᠨ ᠪᠠᠭᠰᠢ ᠶᠢᠨ ᠠᠵᠢᠯ ᠤᠨ ᠪᠠᠶᠢᠷᠢ ᠶᠢᠨ ᠲᠥᠯᠥᠪᠯᠡᠭᠡ ᠥᠪᠡᠷᠲᠡᠭᠡᠨ ᠵᠠᠰᠠᠬᠤ ᠣᠷᠤᠨ ᠣ ᠡᠪᠯᠡᠯ ᠦᠨ ᠡᠭᠦᠷ  ᠢᠶᠠᠷ ᠲᠤᠯᠤᠭᠠᠶᠢᠯᠠᠭᠰᠠᠨ ᠶᠡᠬᠡ ᠰᠣᠷᠭᠠᠭᠤᠯᠢ ᠶᠢᠨ ᠰᠣᠷᠣᠭᠴᠢᠳ ᠤᠨ ᠣᠮᠷᠠᠲᠤ ᠵᠦᠭ ᠦᠨ ᠲᠥᠯᠥᠪᠯᠡᠭᠡ᠃
    ᠴᠡᠷᠢᠭ ᠡᠴᠡ ᠬᠠᠯᠠᠭᠳᠠᠭᠰᠠᠨ ᠣ ᠳᠠᠷᠠᠭᠠᠬᠢ ᠶᠡᠬᠡ ᠰᠣᠷᠭᠠᠭᠣᠯᠢ ᠶᠢᠨ ᠤᠶᠤᠳᠠᠳ ᠭᠡᠳᠡᠭ ᠨᠢ᠄ ᠥᠪᠥᠷ ᠮᠤᠩᠭᠤᠯ ᠤᠨ ᠡᠷᠥᠬᠡ ᠠᠮᠠ ᠶᠢᠨ ᠬᠠᠷᠢᠶᠠᠯᠠᠯ ᠲᠠᠢ᠂   ᠤᠯᠤᠰ ᠭᠡᠷ ᠦᠨ ᠲᠤᠭᠲᠠᠭᠠᠯ ᠪᠠᠷ ᠪᠦᠬᠦᠯᠢ ᠡᠳᠥᠷ ᠦᠨ ᠳᠦᠷᠢᠮᠳᠦ ᠡᠩ  ᠶᠢᠨ ᠳᠡᠭᠡᠳᠦ ᠰᠣᠷᠭᠠᠭᠤᠯᠢ ᠶᠢᠨ ᠲᠣᠰᠬᠠᠢ ᠮᠡᠷᠭᠡᠵᠢᠯ ᠦᠨ ᠰᠤᠷᠤᠯᠴᠠᠭᠰᠠᠨ ᠨᠠᠮᠳᠠᠷ ᠡᠴᠡ ᠳᠡᠭᠡᠭᠰᠢ ᠲᠣᠭᠲᠠᠭᠰᠠᠨ ᠴᠠᠭ ᠤᠨ ᠲᠣᠲᠤᠷ᠎ᠠ ᠴᠡᠷᠢᠭ ᠡᠴᠡ ᠬᠠᠯᠠᠭᠳᠠᠭᠰᠠᠨ ᠤᠶᠤᠳᠠᠳ᠃
 

ᠳᠤᠯᠠᠭᠠᠨ ᠬᠤᠸᠠ ᠲᠦ᠋
分享到